ᠴᠠᠬᠢᠮ ᠬᠤᠳᠠᠯᠳᠤᠭᠠᠨ ᠤ ᠬᠠᠤᠯᠢ᠂ ᠡᠷᠬᠡ ᠵᠦᠢ ᠶᠢᠨ ᠣᠷᠴᠢᠨ ᠤ ᠲᠠᠶᠢᠯᠠᠩ ᠢ ᠬᠡᠯᠡᠯᠴᠡᠯ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤ᠂ ᠠᠽᠢᠶ᠎ᠠ ᠶᠢᠨ ᠬᠥᠭᠵᠢᠯ ᠦᠨ ᠪᠠᠩᠬᠢᠨ ᠤ 《ᠬᠠᠤᠯᠢ᠂ ᠪᠣᠳᠣᠯᠭ᠎ᠠ ᠶᠢᠨ ᠰᠢᠨᠡᠴᠢᠯᠡᠯ ᠦᠨ ᠬᠥᠲᠥᠯᠪᠦᠷᠢ》 ᠍ ᠦᠨ ᠬᠦᠷᠢᠶᠡᠨ ᠳᠦ ᠬᠠᠮᠲᠤᠷᠠᠨ ᠬᠡᠷᠡᠭᠵᠢᠭᠦᠯᠵᠦ ᠪᠤᠢ 《ᠴᠠᠬᠢᠮ ᠡᠳ᠋ ᠍ ᠦᠨ ᠵᠠᠰᠠᠭ ᠲᠤ ᠲᠠᠭᠠᠲᠠᠢ ᠣᠷᠴᠢᠨ ᠪᠦᠷᠢᠳᠦᠭᠦᠯᠬᠦ》 ᠲᠧᠭᠨᠢᠭ ᠦᠨ ᠲᠤᠰᠠᠯᠠᠯᠴᠠᠭᠠᠨ ᠤ ᠲᠥᠰᠥᠯ ᠡᠴᠡ 《ᠮᠣᠩᠭᠣᠯ ᠤᠯᠤᠰ ᠤᠨ ᠴᠠᠬᠢᠮ ᠬᠤᠳᠠᠯᠳᠤᠭᠠᠨ ᠤ ᠬᠠᠤᠯᠢ᠂ ᠡᠷᠬᠡ ᠵᠦᠢ ᠶᠢᠨ ᠣᠷᠴᠢᠨ ᠤ ᠲᠠᠯᠠᠭᠠᠷᠬᠢ ᠲᠠᠶᠢᠯᠤᠨ》 ᠍ ᠢ ᠪᠣᠯᠪᠠᠰᠤᠷᠠᠭᠤᠯᠤᠭᠰᠠᠨ᠃ ᠤᠭ ᠲᠠᠶᠢᠯᠠᠩ ᠢ ᠲᠠᠨᠢᠯᠴᠠᠭᠤᠯᠬᠤ᠂ ᠰᠠᠨᠠᠯ ᠨᠢᠭᠡᠳᠬᠡᠬᠦ ᠡᠴᠦᠰ ᠦᠨ ᠬᠡᠯᠡᠯᠴᠡᠭᠦᠯᠭᠡ ᠪᠣᠯᠵᠤ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠤᠳᠠᠯᠳᠤᠭ᠎ᠠ ᠬᠥᠭᠵᠢᠯ ᠦᠨ ᠪᠠᠭ᠎ᠠ ᠬᠤᠷᠠᠯ᠂ ᠧᠦ᠋ᠷᠣᠫᠠ ᠶᠢᠨ ᠰᠡᠷᠭᠦᠭᠡᠨ ᠪᠣᠰᠬᠠᠯᠲᠠ ᠬᠥᠭᠵᠢᠯ ᠦᠨ ᠪᠠᠩᠬᠢ᠂ ᠭᠠᠳᠠᠭᠠᠳᠤ ᠬᠠᠷᠢᠯᠴᠠᠭᠠᠨ ᠤ ᠶᠠᠮᠤ᠂ ᠭᠠᠶᠢᠯᠢ ᠶᠢᠨ ᠶᠡᠷᠦᠩᠬᠡᠢ ᠭᠠᠵᠠᠷ ᠵᠡᠷᠭᠡ ᠬᠤᠳᠠᠯᠳᠤᠭᠠᠨ ᠤ ᠴᠢᠭ ᠡᠭᠦᠷᠭᠡ ᠪᠦᠬᠦᠢ ОУ ᠍ ᠤᠨ ᠪᠣᠯᠤᠨ ᠳᠣᠲᠣᠭᠠᠳᠤ ᠶᠢᠨ ᠪᠠᠶᠢᠭᠤᠯᠤᠯᠭ᠎ᠠ ᠶᠢᠨ ᠲᠥᠯᠦᠭᠡᠯᠡᠭᠴᠢᠳ ᠣᠷᠣᠯᠴᠠᠯ᠎ᠠ᠃

ᠬᠡᠯᠡᠯᠴᠡᠭᠦᠯᠭᠡ ᠳᠦ ᠣᠷᠣᠯᠴᠠᠭᠴᠢ ᠲᠠᠯ᠎ᠠ ᠨᠤᠭᠤᠳ ᠮᠣᠩᠭᠣᠯ ᠳ᠋ᠠᠬᠢ ᠴᠠᠬᠢᠮ ᠬᠤᠳᠠᠯᠳᠤᠭ᠎ᠠ ᠶᠢ ᠦᠷ᠎ᠡ ᠳ᠋ᠦᠩ ᠲᠡᠢ ᠶᠠᠪᠤᠭᠤᠯᠬᠤ ᠳᠤ ᠬᠠᠤᠯᠢ ᠡᠷᠬᠡ ᠵᠦᠢ᠂ ᠵᠣᠬᠢᠴᠠᠭᠤᠯᠤᠯᠲᠠ ᠶᠢᠨ ᠶᠠᠮᠠᠷ ᠰᠠᠭᠠᠳ ᠪᠡᠷᠬᠡᠰᠢᠶᠡᠯ ᠪᠠᠶᠢᠭ᠎ᠠ ᠶᠢ ᠲᠣᠳᠣᠷᠬᠠᠶᠢᠯᠠᠵᠤ᠂ ᠬᠡᠷᠬᠢᠨ ᠰᠠᠶᠢᠵᠢᠷᠠᠭᠤᠯᠬᠤ ᠲᠠᠯ᠎ᠠ ᠪᠠᠷ ᠰᠠᠨᠠᠯ ᠰᠣᠯᠢᠯᠴᠠᠯ᠎ᠠ᠃

《ᠮᠣᠩᠭᠣᠯ ᠤᠯᠤᠰ ᠤᠨ ᠴᠠᠬᠢᠮ ᠬᠤᠳᠠᠯᠳᠤᠭᠠᠨ ᠤ ᠬᠠᠤᠯᠢ᠂ ᠡᠷᠬᠡ ᠵᠦᠢ ᠶᠢᠨ ᠣᠷᠴᠢᠨ ᠤ ᠲᠠᠯᠠᠭᠠᠷᠬᠢ ᠲᠠᠶᠢᠯᠤᠨ》 ᠍ ᠢ ᠲᠠᠨᠢᠯᠴᠠᠭᠤᠯᠬᠤ ᠡᠬᠢᠨ ᠦ ᠬᠡᠯᠡᠯᠴᠡᠭᠦᠯᠭᠡ ᠶᠢ ᠒᠐᠒᠒ ᠣᠨ ᠤ ᠑᠒ ᠳ᠋ᠤᠭᠠᠷ ᠰᠠᠷ᠎ᠠ ᠳᠤ ᠲᠥᠷᠥ ᠶᠢᠨ ᠪᠠᠶᠢᠭᠤᠯᠤᠯᠭ᠎ᠠ ᠨᠤᠭᠤᠳ᠂ ᠴᠠᠬᠢᠮ ᠬᠤᠳᠠᠯᠳᠤᠭᠠᠨ ᠤ ᠰᠠᠯᠪᠤᠷᠢ ᠶᠢᠨ ᠬᠤᠪ ᠤᠨ ᠬᠡᠪᠰᠢᠯ᠂ ᠪᠢᠽᠢᠨ᠋ᠧᠰ ᠦᠨ ᠬᠣᠯᠪᠣᠭᠠᠳ ᠤᠨ ᠲᠥᠯᠥᠭᠡᠯᠡᠯ ᠦᠨ ᠬᠦᠷᠢᠶᠡᠨ ᠳᠦ ᠵᠣᠬᠢᠶᠠᠨ ᠪᠠᠶᠢᠭᠤᠯᠤᠭᠰᠠᠨ ᠪᠣᠯ ᠡᠨᠡᠬᠦ ᠡᠴᠦᠰ ᠦᠨ ᠬᠡᠯᠡᠯᠴᠡᠭᠦᠯᠭᠡ ᠪᠡᠷ ᠨᠢᠭᠡᠳᠦᠭᠰᠡᠨ ᠰᠠᠨᠠᠯ ᠪᠦᠬᠦᠢ ᠲᠠᠶᠢᠯᠠᠩ ᠢ ᠲᠤᠰ ᠶᠠᠮᠤᠨ ᠳᠤ ᠢᠷᠡᠭᠦᠯᠬᠦ ᠶᠤᠮ᠃

ᠨᠡᠶᠢᠲᠡᠯᠡᠭᠰᠡᠨ᠄