ᠼᠠ᠊ ᠬᠥ᠊ ᠬᠠ᠊ ᠬᠣ᠊- ᠍ ᠤ ᠰᠠᠶᠢᠳ ᠨ.ᠤᠴᠷᠠᠯ ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠷᠢᠴᠠᠷ ᠲᠤ ᠪᠤᠢᠩᠭᠠᠨ ᠢ ᠬᠦᠯᠢᠶᠡᠨ ᠠᠪᠴᠤ ᠠᠭᠤᠯᠵᠠᠯ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠷᠢᠴᠠᠷ ᠲᠤ ᠪᠤᠢᠩᠭᠠᠨ ᠢ ᠲᠣᠮᠢᠯᠠᠭᠳᠠᠭᠰᠠᠨ ᠳᠤ ᠪᠠᠶᠠᠷ ᠬᠦᠷᠭᠡᠵᠦ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠨᠡᠶᠢᠲᠡᠯᠢᠭ ᠠᠰᠢᠭ ᠰᠣᠨᠢᠷᠬᠠᠯ ᠢ ᠤᠷᠤᠭᠰᠢᠯᠠᠭᠤᠯᠬᠤ ᠴᠢᠬᠤᠯᠠ ᠴᠠᠭ ᠦᠶ᠎ᠡ ᠳᠦ ᠡᠭᠦᠷᠭᠡ ᠳᠦ ᠠᠵᠢᠯ ᠳᠤ ᠪᠠᠨ ᠣᠷᠣᠵᠤ ᠪᠠᠶᠢᠭᠠᠳ ᠪᠠᠶᠠᠷᠲᠠᠢ ᠪᠠᠶᠢᠭ᠎ᠠ ᠪᠠᠨ ᠢᠯᠡᠷᠬᠡᠶᠢᠯᠡᠯ᠎ᠡ᠃

ᠠᠭᠤᠯᠵᠠᠯᠲᠠ ᠶᠢᠨ ᠡᠬᠢᠨ ᠳᠦ ᠼᠠ᠊ ᠬᠥ᠊ ᠬᠠ᠊ ᠬᠣ᠊- ᠍ ᠤ ᠰᠠᠶᠢᠳ ᠨ ∙ ᠤᠴᠠᠷᠠᠯ ᠠᠮᠧᠷᠢᠺᠠ ᠶᠢᠨ ᠨᠢᠭᠡᠳᠦᠭᠰᠡᠨ ᠤᠯᠤᠰ ᠲᠠᠢ ᠥᠩᠭᠡᠷᠡᠭᠰᠡᠨ ᠬᠤᠭᠤᠴᠠᠭᠠᠨ ᠳᠤ ᠬᠠᠮᠲᠤᠷᠠᠵᠤ ᠬᠡᠷᠡᠭᠵᠢᠭᠦᠯᠦᠭᠰᠡᠨ 《ᠺᠢᠪᠧᠷ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠬᠦᠮᠦᠨ ᠦ ᠨᠥᠭᠡᠴᠡ ᠶᠢ ᠪᠡᠬᠢᠵᠢᠭᠦᠯᠬᠦ》 ᠪᠣᠯᠤᠨ ᠪᠤᠰᠤᠳ ᠠᠵᠢᠯ ᠤᠳ ᠤᠨ ᠲᠠᠯ᠎ᠠ ᠪᠠᠷ ᠳᠤᠷᠠᠳᠴᠤ ᠲᠠᠯᠠᠷᠬᠠᠯ ᠢᠯᠡᠷᠬᠡᠶᠢᠯᠡᠭᠰᠡᠨ ᠶᠤᠮ᠃

ᠴᠢᠨᠠᠭᠰᠢᠳᠠ ᠪᠠᠨ ᠣᠯᠠᠨ ᠤᠯᠤᠰ ᠤᠨ ᠲᠥᠯᠦᠪᠦᠷᠢ ᠲᠣᠭᠠᠴᠠᠭᠠᠨ ᠤ ᠬᠡᠷᠡᠭᠰᠡᠯ ᠦᠳ ᠪᠣᠯᠬᠤ Google᠂ Apple᠂ Paypal ᠵᠡᠷᠭᠡ ᠶᠢ ᠮᠣᠩᠭᠣᠯ ᠤᠯᠤᠰ ᠲᠤ ᠨᠡᠪᠲᠡᠷᠡᠭᠦᠯᠬᠦ ᠲᠠᠯ᠎ᠠ ᠪᠠᠷ ᠪᠣᠯᠤᠮᠵᠢ ᠶᠢ ᠰᠤᠳᠤᠯᠵᠤ᠂ ᠬᠠᠮᠲᠤᠷᠠᠨ ᠠᠵᠢᠯᠯᠠᠬᠤ ᠪᠣᠯᠤᠮᠵᠢ ᠶᠢ ᠮᠥᠨ ᠶᠠᠷᠢᠯᠴᠠᠯ᠎ᠠ᠃

ᠴᠠᠬᠢᠮ ᠣᠷᠴᠢᠨ ᠤ ᠵᠣᠬᠢᠰᠲᠠᠢ ᠬᠡᠷᠡᠭᠯᠡᠭᠡ᠂ ᠢᠷᠭᠡᠳ ᠦᠨ ᠲᠣᠭᠠᠨ ᠪᠢᠴᠢᠭ ᠦᠰᠦᠭ ᠦᠨ ᠪᠣᠯᠪᠠᠰᠤᠷᠠᠯ ᠢ ᠳᠡᠭᠡᠭᠰᠢᠯᠡᠭᠦᠯᠬᠦ ᠪᠣᠯᠤᠨ ᠴᠠᠬᠢᠮ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠴᠢᠭᠯᠡᠯ ᠢᠶᠡᠷ ᠭᠠᠳᠠᠨ ᠤ ᠺᠣᠮᠫᠠᠨᠢ ᠨᠤᠭᠤᠳ ᠲᠠᠢ ᠬᠠᠮᠲᠤᠷᠠᠨ ᠠᠵᠢᠯᠯᠠᠬᠤ ᠳᠤ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠰᠠᠨᠠᠯ ᠲᠠᠯᠪᠢᠯ᠎ᠠ᠃

ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠷᠢᠴᠠᠷ ᠲᠤ ᠪᠤᠢᠩᠭᠠᠨ ᠼᠠ᠊ ᠬᠥ᠊ ᠬᠠ᠊ ᠬᠣ᠊- ᠍ ᠤ ᠰᠠᠶᠢᠳ ᠨ ∙ ᠤᠴᠠᠷᠠᠯ ᠢ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠶᠢᠯᠡᠵᠦ᠂ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠬᠦᠷᠭᠡᠬᠦ ᠡᠷᠡᠮᠡᠯᠵᠡᠯ ᠲᠡᠢ ᠪᠠᠶᠢᠨ᠎ᠠ ᠭᠡᠳᠡᠭ ᠢᠶᠡᠨ ᠬᠡᠯᠡᠭᠰᠡᠨ᠃ ᠮᠥᠨ ᠺᠢᠪᠧᠷ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠪᠣᠯᠤᠨ ᠳᠡᠭᠡᠷᠡᠬᠢ ᠬᠦᠰᠡᠯᠲᠡ ᠨᠦᠭᠦᠳ ᠢ ᠬᠡᠷᠡᠭᠵᠢᠭᠦᠯᠬᠦ ᠳᠦ ᠬᠠᠮᠲᠤᠷᠠᠨ ᠠᠵᠢᠯᠯᠠᠵᠤ᠂ ᠳᠡᠮᠵᠢᠯᠭᠡ ᠦᠵᠡᠭᠦᠯᠦᠨ᠎ᠡ ᠭᠡᠳᠡᠭ ᠢᠶᠡᠨ ᠢᠯᠡᠷᠬᠡᠶᠢᠯᠡᠭᠰᠡᠨ ᠶᠤᠮ᠃

ᠨᠡᠶᠢᠲᠡᠯᠡᠭᠰᠡᠨ᠄