ᠴᠠᠬᠢᠮ ᠤᠷᠴᠢᠨ ᠳᠤ ᠬᠦᠮᠦᠨ ᠦ ᠡᠷᠬᠡ ᠶᠢ ᠬᠠᠮᠠᠭᠠᠯᠠᠬᠤ ᠳᠤ ᠰᠠᠯᠪᠤᠷᠢ ᠪᠦᠷᠢ ᠶᠢᠨ ᠣᠷᠣᠯᠴᠠᠭ᠎ᠠ ᠴᠢᠬᠤᠯᠠ


ᠴᠠᠬᠢᠮ ᠣᠷᠴᠢᠨ ᠳ᠋ᠠᠬᠢ ᠬᠦᠮᠦᠨ ᠦ ᠡᠷᠬᠡ ᠶᠢᠨ ᠵᠥᠷᠢᠴᠡᠯ᠂ ᠲᠤᠯᠭᠠᠮᠳᠠᠵᠤ ᠪᠤᠢ ᠠᠰᠠᠭᠤᠳᠠᠯ᠂ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠶᠢᠯᠠᠬᠤ ᠵᠣᠷᠢᠯᠭ᠎ᠠ ᠪᠦᠬᠦᠢ ᠠᠭᠤᠯᠵᠠᠯᠲᠠ᠂ ᠬᠡᠯᠡᠯᠴᠡᠭᠦᠯᠭᠡ ᠶᠢ ᠥᠨᠥᠳᠥᠷ /᠒᠐᠒᠓.᠐᠑.᠒᠕/ ᠵᠣᠬᠢᠶᠠᠨ ᠪᠠᠶᠢᠭᠤᠯᠵᠤ ᠪᠠᠶᠢᠨ᠎ᠠ᠃

ᠬᠡᠯᠡᠯᠴᠡᠭᠦᠯᠭᠡ ᠶᠢ ᠨᠡᠭᠡᠭᠡᠵᠦ ᠼᠠ᠊ ᠬᠥ᠊ ᠬᠠ᠊ ᠬᠣ᠊ ᠊ ᠍ ᠤ ᠳᠡᠳ᠋ ᠰᠠᠶᠢᠳ ᠵ ∙ ᠡᠷᠬᠢᠮᠪᠠᠭᠠᠲᠤᠷ ᠬᠡᠯᠡᠭᠰᠡᠨ ᠦᠭᠡᠨ ᠳᠦ ᠪᠡᠨ᠄ ᠮᠠᠨ ᠤ ᠤᠯᠤᠰ ᠤᠨ ᠨᠡᠶᠢᠲᠡ ᠬᠦᠮᠦᠨ ᠠᠮᠠ ᠶᠢᠨ ᠘᠐.᠖ ᠬᠤᠪᠢ ᠨᠢ ᠢᠨᠲ᠋ᠧᠷᠨᠡᠲ ᠬᠡᠷᠡᠭᠯᠡᠭᠴᠢ᠂ ᠲᠡᠭᠦᠨ ᠦ ᠳᠣᠲᠣᠷ᠎ᠠ ᠤᠬᠠᠭᠠᠯᠢᠭ ᠤᠲᠠᠰᠤ ᠲᠠᠢ ᠬᠡᠦᠬᠡᠳ ᠦᠳ ᠦᠨ ᠙᠕ ᠬᠤᠪᠢ ᠨᠢ ᠢᠨᠲ᠋ᠧᠷᠨᠡᠲ ᠬᠡᠷᠡᠭᠯᠡᠳᠡᠭ᠂ ᠮᠥᠨ ᠲᠡᠳᠡᠨ ᠦ ᠙᠒ ᠬᠤᠪᠢ ᠨᠢ ᠹᠡᠢᠰᠪᠥᠺ ᠬᠠᠶ᠋ᠢᠭ ᠲᠠᠢ ᠪᠠᠶᠢᠭ᠎ᠠ ᠨᠢ ᠴᠠᠬᠢᠮ ᠣᠷᠴᠢᠨ ᠪᠣᠯᠤᠨ ᠨᠡᠶᠢᠭᠡᠮ ᠤᠨ ᠰᠦᠯᠵᠢᠶᠡᠨ ᠳᠦ ᠠᠭᠤᠯᠭ᠎ᠠ᠂ ᠬᠠᠷᠢᠯᠴᠠᠭ᠎ᠠ᠂ ᠦᠢᠯᠡᠳᠦᠯ ᠦᠨ ᠡᠷᠦᠰᠳᠡᠯ ᠭᠠᠷᠴᠤ ᠪᠣᠯᠬᠣᠷ ᠪᠠᠶᠢᠨ᠎ᠠ᠃ ᠡᠶᠢᠮᠦ ᠳᠦ ᠥᠨᠥᠳᠥᠷ ᠦᠨ ᠡᠨᠡ ᠬᠡᠯᠡᠯᠴᠡᠭᠦᠯᠭᠡ ᠳᠦ ᠰᠠᠯᠪᠤᠷᠢ ᠪᠦᠷᠢ ᠶᠢᠨ ᠲᠥᠯᠦᠭᠡᠯᠡᠯ ᠢ ᠣᠷᠤᠯᠴᠠᠭᠤᠯᠤᠨ᠂ ᠴᠠᠬᠢᠮ ᠣᠷᠴᠢᠨ ᠳᠤ ᠬᠦᠮᠦᠨ ᠦ ᠡᠷᠬᠡ ᠶᠢ ᠬᠠᠮᠠᠭᠠᠯᠠᠬᠤ ᠳᠤ ᠲᠤᠯᠭᠠᠮᠳᠠᠵᠤ ᠪᠤᠢ ᠠᠰᠠᠭᠤᠳᠠᠯ ᠰᠡᠳᠦᠪ ᠢᠶᠡᠷ ᠵᠣᠬᠢᠶᠠᠨ ᠪᠠᠶᠢᠭᠤᠯᠵᠤ ᠪᠤᠢ ᠶᠢ ᠳᠤᠷᠠᠳᠤᠯ᠎ᠠ᠃

ᠬᠡᠯᠡᠯᠴᠡᠭᠦᠯᠭᠡ ᠳᠦ ᠬᠦᠮᠦᠨ ᠦ ᠡᠷᠬᠡ ᠶᠢᠨ ᠦᠨᠳᠦᠰᠦᠨ ᠦ ᠺᠣᠮᠢᠰ᠂ ᠴᠠᠭᠳᠠᠭ᠎ᠠ ᠶᠢᠨ ᠶᠡᠷᠦᠩᠬᠡᠢ ᠭᠠᠵᠠᠷ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ᠂ ᠭᠡᠷ ᠪᠦᠯᠢ᠂ ᠬᠡᠦᠬᠡᠳ ᠵᠠᠯᠠᠭᠤᠴᠤᠳ ᠤᠨ ᠭᠠᠵᠠᠷ᠂ ᠬᠠᠤᠯᠢ ᠵᠦᠢ ᠶᠢᠨ ᠦᠨᠳᠦᠰᠦᠨ ᠦ ᠬᠦᠷᠢᠶᠡᠯᠡᠩ ᠪᠣᠯᠤᠨ ᠮᠣᠩᠭᠣᠯ ᠤᠨ ᠬᠠᠤᠯᠢᠴᠢᠳ ᠤᠨ ᠬᠣᠯᠪᠣᠭ᠎ᠠ ᠵᠡᠷᠭᠡ ᠪᠠᠶᠢᠭᠤᠯᠤᠯᠭ᠎ᠠ ᠶᠢᠨ ᠲᠥᠯᠥᠭᠡᠯᠡᠯ ᠦᠳ ᠣᠷᠣᠯᠴᠠᠵᠤ᠄

《ᠴᠠᠬᠢᠮ ᠤᠷᠴᠢᠨ ᠳᠤ ᠬᠦᠮᠦᠨ ᠦ ᠬᠤᠪ ᠤᠨ ᠮᠡᠳᠡᠭᠡᠯᠡᠯ ᠬᠠᠮᠠᠭᠠᠯᠠᠬᠤ᠂ ᠬᠦᠮᠦᠨ ᠦ ᠡᠷᠬᠡ ᠶᠢ ᠬᠠᠩᠭᠠᠬᠤ ᠴᠢᠭᠯᠡᠯ ᠢᠶᠡᠷ ᠬᠡᠷᠡᠭᠵᠢᠭᠦᠯᠵᠦ ᠪᠤᠢ ᠠᠷᠭ᠎ᠠ ᠬᠡᠮᠵᠢᠶ᠎ᠡ》

《ᠴᠠᠬᠢᠮ ᠣᠷᠴᠢᠨ ᠳᠠᠬᠢ ᠭᠡᠮᠲᠦ ᠬᠡᠷᠡᠭ ᠦᠨ ᠭᠠᠷᠤᠯᠲᠠ᠂ ᠲᠣᠭᠠᠨ ᠮᠡᠳᠡᠭᠡᠯᠡᠯ》

《ᠴᠠᠬᠢᠮ ᠣᠷᠴᠢᠨ ᠤ ᠬᠡᠦᠬᠡᠳ ᠬᠠᠮᠠᠭᠠᠯᠠᠯ ᠪᠣᠯᠤᠨ ᠠᠪᠴᠤ ᠬᠡᠷᠡᠭᠵᠢᠭᠦᠯᠵᠦ ᠪᠤᠢ ᠠᠷᠭ᠎ᠠ ᠬᠡᠮᠵᠢᠶᠡᠨ ᠦ ᠲᠠᠨᠢᠯᠴᠠᠭᠤᠯᠭ᠎ᠠ》

《ᠴᠠᠬᠢᠮ ᠣᠷᠴᠢᠨ ᠳᠠᠬᠢ ᠬᠡᠦᠬᠡᠳ ᠦᠨ ᠡᠷᠬᠡ ᠶᠢᠨ ᠵᠥᠷᠢᠴᠡᠯ ᠦᠨ ᠲᠠᠯ᠎ᠠ ᠪᠠᠷ ᠬᠢᠭᠰᠡᠨ ᠰᠤᠳᠤᠯᠭ᠎ᠠ》

《ᠴᠠᠬᠢᠮ ᠣᠷᠴᠢᠨ ᠳᠠᠬᠢ ᠬᠦᠮᠦᠨ ᠦ ᠡᠷᠬᠡ ᠶᠢᠨ ᠵᠥᠷᠢᠴᠡᠯ ᠪᠠ ᠡᠷᠬᠡ ᠵᠦᠢ ᠶᠢᠨ ᠵᠣᠬᠢᠴᠠᠭᠤᠯᠤᠯᠲᠠ》

《ᠴᠠᠬᠢᠮ ᠤᠷᠴᠢᠨ ᠳᠤ ᠦᠢᠯᠡᠳᠦᠭᠳᠡᠭᠰᠡᠨ ᠭᠡᠮᠲᠦ ᠬᠡᠷᠡᠭ ᠢ ᠰᠢᠢᠳᠪᠦᠷᠢᠯᠡᠬᠦ ᠲᠡᠢ ᠬᠣᠯᠪᠣᠭ᠎ᠠ ᠲᠠᠢ ᠥᠮᠥᠭᠡᠯᠡᠯ ᠦᠨ ᠦᠢᠯᠡ ᠠᠵᠢᠯᠯᠠᠭᠠᠨ ᠳᠤ ᠲᠤᠯᠭᠠᠮᠳᠠᠵᠤ ᠪᠤᠢ ᠠᠰᠠᠭᠤᠳᠠᠯ》 ᠵᠡᠷᠭᠡ ᠰᠡᠳᠦᠪ ᠦᠳ ᠢᠶᠡᠷ ᠢᠯᠡᠳᠬᠡᠯ᠂ ᠲᠠᠨᠢᠯᠴᠠᠭᠤᠯᠭ᠎ᠠ ᠬᠡᠢ ᠶᠢᠨ᠂ ᠬᠡᠯᠡᠯᠴᠡᠭᠦᠯᠭᠡ ᠥᠷᠨᠢᠭᠦᠯᠵᠦ ᠪᠠᠶᠢᠨ᠎ᠠ᠃

ᠨᠡᠶᠢᠲᠡᠯᠡᠭᠰᠡᠨ᠄