ᠼᠠ᠊ ᠬᠥ᠊ ᠬᠠ᠊ ᠬᠣ᠊ ᠶᠠ᠊ ᠺᠢᠪᠧᠷ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠲᠠᠢ ᠬᠠᠮᠲᠤᠷᠠᠨ ᠠᠵᠢᠯᠯᠠᠨ᠎ᠠ


ᠼᠠ᠊ ᠬᠥ᠊ ᠬᠠ᠊ ᠬᠣ᠊- ᠍ ᠤ ᠰᠠᠶᠢᠳ ᠨ ∙ ᠤᠴᠠᠷᠠᠯ ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠹᠢᠯᠢᠫ ᠮᠡᠯᠤᠨ ᠢ ᠥᠨᠥᠳᠥᠷ /᠒᠐᠒᠓.᠐᠑.᠒᠖/ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ ᠼᠠ᠊ ᠬᠥ᠊ ᠬᠠ᠊ ᠬᠣ᠊- ᠍ ᠤ ᠰᠠᠶᠢᠳ ᠨ ∙ ᠤᠴᠠᠷᠠᠯ ᠵᠠᠪ ᠭᠠᠷᠭᠠᠨ ᠠᠭᠤᠯᠵᠠᠵᠤ ᠪᠠᠶᠢᠭᠠᠳ ᠲᠠᠯᠠᠷᠬᠠᠯ ᠢᠯᠡᠷᠬᠡᠶᠢᠯᠡᠭᠡᠳ᠂ ᠮᠣᠩᠭᠣᠯ ᠤᠯᠤᠰ᠂ ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠖᠐ ᠵᠢᠯ ᠦᠨ ᠣᠢ ᠶᠢᠨ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠠᠭᠤᠯᠵᠠᠯᠲᠠ ᠶᠢᠨ ᠬᠦᠷᠢᠶᠡᠨ ᠳᠦ ᠺᠢᠪᠧᠷ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠬᠠᠮᠲᠤ ᠶᠢᠨ ᠠᠵᠢᠯᠯᠠᠭ᠎ᠠ ᠶᠢ ᠡᠬᠢᠯᠡᠭᠦᠯᠬᠦ᠂ ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠲᠠᠢ ᠲᠥᠷᠦ ᠶᠢᠨ ᠮᠡᠳᠡᠭᠡᠯᠡᠯ ᠰᠣᠯᠢᠯᠴᠠᠭᠠᠨ ᠤ ᠰᠢᠰᠲ᠋ᠧᠮ ᠦᠨ ᠴᠢᠭᠯᠡᠯ ᠢᠶᠡᠷ ᠲᠤᠷᠰᠢᠯᠭ᠎ᠠ ᠰᠣᠯᠢᠯᠴᠠᠬᠤ᠂ ᠬᠠᠮᠲᠤ ᠶᠢᠨ ᠠᠵᠢᠯᠯᠠᠭ᠎ᠠ ᠶᠢ ᠡᠬᠢᠯᠡᠭᠦᠯᠬᠦ᠂ ᠮᠣᠩᠭᠣᠯ ᠤᠯᠤᠰ ᠤᠨ ᠫᠷᠣᠭᠷᠠᠮ ᠬᠠᠩᠭᠠᠮᠵᠢ ᠬᠥᠭᠵᠢᠭᠦᠯᠦᠭᠴᠢ ᠪᠣᠯᠤᠨ ᠮᠡᠳᠡᠭᠡᠯᠡᠯ ᠦᠨ ᠲᠧᠭᠨᠣᠯᠣᠭᠢ ᠶᠢᠨ ᠭᠠᠷᠠᠭᠠᠨ ᠤ ᠺᠣᠮᠫᠠᠨᠢ ᠨᠤᠭᠤᠳ ᠤᠨ ᠪᠦᠲᠦᠭᠡᠭᠳᠡᠬᠦᠨ᠂ ᠦᠢᠯᠡᠴᠢᠯᠡᠭᠡ ᠶᠢ ᠶᠡᠬᠡ ᠪᠷᠢᠲ᠋ᠠᠨᠢ ᠤᠯᠤᠰ ᠲᠤ ᠰᠤᠷᠲᠠᠯᠴᠢᠯᠠᠨ ᠲᠠᠨᠢᠭᠤᠯᠬᠤ᠂ ᠬᠠᠮᠲᠤ ᠶᠢᠨ ᠠᠵᠢᠯᠯᠠᠭᠠᠨ ᠤ ᠭᠦᠦᠷᠡ ᠪᠣᠯᠬᠤ ᠳᠤ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠭ᠎ᠠ ᠪᠠᠨ ᠼᠠ᠊ ᠬᠥ᠊ ᠬᠠ᠊ ᠬᠣ᠊- ᠍ ᠤ ᠰᠠᠶᠢᠳ ᠨ ∙ ᠤᠴᠠᠷᠠᠯ ᠢᠯᠡᠷᠬᠡᠶᠢᠯᠡᠯ᠎ᠡ᠃ ᠮᠥᠨ ᠶᠠᠮᠤᠨ ᠠᠴᠠ ᠠᠪᠴᠤ ᠬᠡᠷᠡᠭᠵᠢᠭᠦᠯᠵᠦ ᠪᠠᠶᠢᠭ᠎ᠠ ᠪᠣᠳᠣᠯᠭ᠎ᠠ᠂ ᠬᠢᠵᠦ᠂ ᠬᠡᠷᠡᠭᠵᠢᠭᠦᠯᠵᠦ ᠪᠠᠶᠢᠭ᠎ᠠ ᠠᠵᠢᠯ ᠤᠳ ᠢᠶᠠᠨ ᠲᠠᠨᠢᠯᠴᠠᠭᠤᠯᠤᠯ᠎ᠠ᠃

ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠹᠢᠯᠢᠫ ᠮᠡᠯᠦᠨ ᠼᠠ᠊ ᠬᠥ᠊ ᠬᠠ᠊ ᠬᠣ᠊- ᠍ ᠤ ᠰᠠᠶᠢᠳ ᠨ ∙ ᠤᠴᠠᠷᠠᠯ ᠢ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠶᠢᠯᠡᠭᠡᠳ᠂ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠬᠦᠷᠭᠡᠬᠦ ᠡᠷᠡᠮᠡᠯᠵᠡᠯ ᠲᠡᠢ ᠪᠠᠶᠢᠨ᠎ᠠ ᠭᠡᠳᠡᠭ ᠢᠶᠡᠨ ᠬᠡᠯᠡᠭᠰᠡᠨ᠃ ᠮᠥᠨ ᠳᠡᠭᠡᠷᠡᠬᠢ ᠬᠦᠰᠡᠯᠲᠡ ᠨᠦᠭᠦᠳ ᠢ ᠬᠦᠯᠢᠶᠡᠨ ᠠᠪᠴᠤ᠂ ᠬᠠᠮᠲᠤᠷᠠᠨ ᠠᠵᠢᠯᠯᠠᠨ᠎ᠠ ᠭᠡᠳᠡᠭ ᠢᠶᠡᠨ ᠢᠯᠡᠷᠬᠡᠶᠢᠯᠡᠭᠰᠡᠨ ᠶᠤᠮ᠃

ᠨᠡᠶᠢᠲᠡᠯᠡᠭᠰᠡᠨ᠄