ᠲᠥᠷᠦ ᠶᠢᠨ ᠠᠯᠪᠠᠨ ᠤ ᠶᠡᠷᠦᠩᠬᠡᠢ ᠰᠢᠯᠭᠠᠯᠲᠠ ᠨᠡᠶᠢᠰᠯᠡᠯ᠂ ᠣᠷᠣᠨ ᠨᠤᠲᠤᠭ ᠲᠤ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠤᠭᠳᠠᠵᠤ ᠪᠠᠶᠢᠨ᠎ᠠ


ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠲᠥᠷᠦ ᠶᠢᠨ ᠪᠦᠲᠦᠭᠡᠮᠵᠢ ᠶᠢ ᠨᠡᠮᠡᠭᠳᠡᠭᠦᠯᠵᠦ᠂ ᠢᠷᠭᠡᠳ ᠲᠦ ᠲᠥᠷᠦ ᠶᠢᠨ ᠦᠢᠯᠡᠴᠢᠯᠡᠭᠡ ᠶᠢ ᠴᠢᠷᠭᠳᠡᠯ ᠦᠭᠡᠢ᠂ ᠰᠢᠭᠤᠷᠬᠠᠢ ᠬᠦᠷᠭᠡᠬᠦ ᠵᠣᠷᠢᠯᠲᠠ ᠲᠠᠯᠪᠢᠨ ᠠᠵᠢᠯᠯᠠᠵᠤ ᠪᠠᠶᠢᠨ᠎ᠠ᠃

ᠲᠥᠷᠥ ᠳᠦ ᠮᠡᠷᠭᠡᠰᠢᠭᠰᠡᠨ᠂ ᠴᠢᠳᠠᠪᠬ᠎ᠠ ᠲᠠᠢ ᠪᠣᠯᠪᠠᠰᠤᠨ ᠬᠦᠴᠦᠨ ᠠᠵᠢᠯᠯᠠᠭᠤᠯᠬᠤ ᠨᠢ ᠡᠨᠡᠬᠦ ᠵᠣᠷᠢᠯᠲᠠ ᠶᠢ ᠬᠡᠷᠡᠭᠵᠢᠭᠦᠯᠬᠦ ᠭᠣᠣᠯ ᠬᠦᠴᠦᠨ ᠵᠦᠢᠯ ᠪᠥᠭᠡᠳ ᠡᠭᠦᠨ ᠲᠡᠢ ᠬᠣᠯᠪᠣᠭᠠᠲᠠᠢ ᠪᠠᠷ ᠢᠷᠭᠡᠳ ᠢ ᠲᠥᠷᠥ ᠶᠢᠨ ᠠᠯᠪᠠᠨ ᠳᠤ ᠰᠣᠩᠭᠣᠨ ᠰᠢᠯᠭᠠᠷᠠᠭᠤᠯᠵᠤ ᠠᠪᠬᠤ ᠰᠢᠯᠭᠠᠯᠲᠠ ᠶᠢᠨ ᠠᠭᠤᠯᠭ᠎ᠠ ᠲᠡᠳᠦᠢ ᠦᠭᠡᠢ ᠰᠢᠯᠭᠠᠯᠲᠠ ᠶᠢ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠤᠯᠠᠮ ᠪᠦᠷ ᠪᠣᠯᠪᠠᠰᠤᠷᠠᠩᠭᠤᠢ ᠪᠣᠯᠵᠤ ᠪᠠᠶᠢᠨ᠎ᠠ᠃

ᠡᠨᠡ ᠤᠳᠠᠭ᠎ᠠ ᠶᠢᠨ ᠰᠢᠯᠭᠠᠯᠲᠠ ᠨᠢ ᠴᠠᠬᠢᠮ ᠬᠡᠯᠪᠡᠷᠢ ᠪᠡᠷ ᠵᠣᠬᠢᠶᠠᠨ ᠪᠠᠶᠢᠭᠤᠯᠤᠭᠳᠠᠵᠤ ᠪᠤᠢ ᠗ ᠳᠠᠬᠢ ᠤᠳᠠᠭ᠎ᠠ ᠶᠢᠨ ᠰᠢᠯᠭᠠᠯᠲᠠ ᠪᠥᠭᠡᠳ ᠕᠘᠘᠕ ᠢᠷᠭᠡᠨ ᠪᠦᠷᠢᠳᠬᠡᠭᠦᠯᠦᠭᠰᠡᠨ ᠦ ᠒᠗᠘᠘ ᠨᠢ ᠤᠯᠠᠭᠠᠨᠪᠠᠭᠠᠲᠤᠷ ᠬᠣᠲᠠ ᠠᠴᠠ ᠪᠤᠰᠤᠳ ᠨᠢ ᠣᠷᠣᠨ ᠨᠤᠲᠤᠭ ᠠᠴᠠ ᠪᠠᠶᠢᠨ᠎ᠠ᠃ ᠲᠥᠷᠥ ᠶᠢᠨ ᠠᠯᠪᠠᠨ ᠤ ᠶᠡᠷᠦᠩᠬᠡᠢ ᠰᠢᠯᠭᠠᠯᠲᠠ ᠴᠠᠬᠢᠮᠵᠢᠭᠰᠠᠨ ᠢᠶᠠᠷ ᠮᠣᠩᠭᠣᠯ ᠤᠯᠤᠰ ᠤᠨ ᠥᠨᠴᠥᠭ ᠪᠤᠯᠤᠨ ᠪᠦᠷᠢ ᠡᠴᠡ ᠢᠷᠭᠡᠳ ᠰᠢᠯᠭᠠᠯᠲᠠ ᠳᠤ ᠪᠥᠷᠢᠳᠬᠡᠭᠦᠯᠬᠦ᠂ ᠠᠮᠢᠳᠤᠷᠠᠵᠤ ᠪᠠᠶᠢᠭ᠎ᠠ ᠭᠠᠵᠠᠷ ᠠᠴᠠ ᠪᠠᠨ ᠰᠢᠯᠭᠠᠯᠲᠠ ᠪᠠᠨ ᠥᠭᠬᠦ ᠪᠣᠯᠤᠮᠵᠢ ᠶᠢ ᠪᠦᠷᠢᠳᠦᠭᠦᠯᠦᠭᠰᠡᠨ ᠢᠶᠡᠷ ᠢᠶᠡᠨ ᠳᠠᠪᠠᠭᠤ ᠲᠠᠯ᠎ᠠ ᠲᠠᠢ ᠶᠤᠮ᠃

ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠳᠤ ᠲᠥᠷᠥ ᠶᠢᠨ ᠠᠯᠪᠠᠨ ᠤ ᠵᠥᠪᠯᠡᠯ ᠡᠴᠡ ᠭᠠᠳᠠᠨ᠎ᠠ ᠴᠠᠭᠳᠠᠭ᠎ᠠ᠂ ᠲᠠᠩᠨᠠᠭᠤᠯ ᠤᠨ ᠪᠠᠶᠢᠭᠤᠯᠤᠯᠭ᠎ᠠ ᠵᠡᠷᠭᠡ ᠮᠡᠷᠭᠡᠵᠢᠯ ᠦᠨ ᠠᠯᠪᠠ ᠳᠤ ᠰᠢᠯᠭᠠᠯᠲᠠ ᠶᠢᠨ ᠦᠢᠯᠡ ᠶᠠᠪᠤᠴᠠ ᠳᠤ ᠬᠢᠨᠠᠯᠲᠠ ᠲᠠᠯᠪᠢᠬᠤ ᠴᠢᠭᠢ ᠡᠭᠦᠷᠭᠡ ᠪᠡᠨ ᠬᠡᠷᠡᠭᠵᠢᠭᠦᠯᠵᠦ᠂ ᠲᠥᠷᠥ ᠶᠢᠨ ᠠᠯᠪᠠᠨ ᠤ ᠵᠥᠪᠯᠡᠯ ᠦᠨ ᠰᠢᠰᠲ᠋ᠧᠮ᠂ ᠰᠧᠷᠸᠧᠷ ᠤᠨ ᠬᠡᠪ ᠦᠨ ᠨᠠᠶᠢᠳᠠᠪᠤᠷᠢᠲᠠᠢ ᠠᠵᠢᠯᠯᠠᠭ᠎ᠠ ᠶᠢ ᠦᠨᠳᠦᠰᠦᠨ ᠦ ᠳᠠᠲ᠋ᠠ ᠲᠥᠪ ᠬᠠᠷᠢᠭᠤᠴᠠᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄