ᠼᠠ᠊ ᠬᠥ᠊ ᠬᠠ᠊ ᠬᠣ᠊-ᠤ᠎ ᠰᠠᠶᠢᠳ ᠨ ∙ ᠤᠴᠠᠷᠠᠯ ᠬᠣᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠶᠤᠤᠷᠠᠨ ᠷᠣᠽᠧᠨᠪᠧᠷ ᠲᠡᠢ ᠠᠭᠤᠯᠵᠠᠯ᠎ᠠ


ᠠᠭᠤᠯᠵᠠᠯᠲᠠ ᠶᠢᠨ ᠡᠬᠢᠨ ᠳᠦ ᠼᠠ᠊ ᠬᠥ᠊ ᠬᠠ᠊ ᠬᠣ᠊- ᠤ ᠰᠠᠶᠢᠳ ᠨ ∙ ᠤᠴᠠᠷᠠᠯ ᠶᠠᠮᠤᠨ ᠤ ᠪᠣᠳᠣᠯᠭ᠎ᠠ ᠦᠢᠯᠡ ᠠᠵᠢᠯᠯᠠᠭ᠎ᠠ᠂ ᠬᠢᠵᠦ᠂ ᠬᠡᠷᠡᠭᠵᠢᠭᠦᠯᠵᠦ ᠪᠤᠢ ᠠᠵᠢᠯ ᠤᠳ ᠢᠶᠠᠨ ᠲᠠᠨᠢᠯᠴᠠᠭᠤᠯᠤᠨ᠂ ᠺᠢᠪᠧᠷ ᠠᠶᠤᠯ ᠦᠭᠡᠢ ᠪᠠᠶᠢᠳᠠᠯ᠂ ᠬᠠᠯᠳᠠᠯᠭ᠎ᠠ ᠠᠴᠠ ᠰᠡᠷᠭᠡᠶᠢᠯᠡᠬᠦ ᠴᠢᠭᠯᠡᠯ ᠢᠶᠡᠷ ᠶᠠᠷᠢᠯᠴᠠᠵᠤ᠂ ᠬᠠᠮᠲᠤᠷᠠᠨ ᠠᠵᠢᠯᠯᠠᠬᠤ ᠪᠠᠷ ᠲᠣᠬᠢᠷᠠᠯ᠎ᠠ᠃ ᠮᠥᠨ ᠬᠣᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ ᠲᠠᠢ ᠲᠥᠷᠦ ᠶᠢᠨ ᠮᠡᠳᠡᠭᠡᠯᠡᠯ ᠰᠣᠯᠢᠯᠴᠠᠭᠠᠨ ᠤ ᠰᠢᠰᠲ᠋ᠧᠮ ᠦᠨ ᠴᠢᠭᠯᠡᠯ ᠢᠶᠡᠷ ᠲᠤᠷᠰᠢᠯᠭ᠎ᠠ ᠰᠣᠯᠢᠯᠴᠠᠬᠤ᠂ ᠬᠠᠮᠲᠤ ᠶᠢᠨ ᠠᠵᠢᠯᠯᠠᠭ᠎ᠠ ᠶᠢ ᠡᠬᠢᠯᠡᠭᠦᠯᠬᠦ᠂ ᠮᠣᠩᠭᠣᠯ ᠤᠯᠤᠰ ᠤᠨ ᠫᠷᠣᠭᠷᠠᠮ ᠬᠠᠩᠭᠠᠮᠵᠢ ᠬᠥᠭᠵᠢᠭᠦᠯᠦᠭᠴᠢ ᠪᠣᠯᠤᠨ ᠮᠡᠳᠡᠭᠡᠯᠡᠯ ᠦᠨ ᠲᠧᠭᠨᠣᠯᠣᠭᠢ ᠶᠢᠨ ᠭᠠᠷᠠᠭᠠᠨ ᠤ ᠺᠣᠮᠫᠠᠨᠢ ᠨᠤᠭᠤᠳ ᠤᠨ ᠪᠦᠲᠦᠭᠡᠭᠳᠡᠬᠦᠨ᠂ ᠦᠢᠯᠡᠴᠢᠯᠡᠭᠡ ᠶᠢ ᠬᠣᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ ᠲᠤ ᠰᠤᠷᠲᠠᠯᠴᠢᠯᠠᠨ ᠲᠠᠨᠢᠭᠤᠯᠬᠤ ᠳᠤ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠭ᠎ᠠ ᠪᠠᠨ ᠢᠯᠡᠷᠬᠡᠶᠢᠯᠡᠯ᠎ᠡ᠃

ᠨᠡᠶᠢᠲᠡᠯᠡᠭᠰᠡᠨ᠄