ᠮᠣᠩᠭᠣᠯ ᠤᠯᠤᠰ ᠤᠨ 《ᠺᠢᠪᠧᠷ ᠠᠶᠤᠯ ᠦᠭᠡᠢ ᠪᠠᠶᠢᠳᠠᠯ ᠤᠨ ᠦᠨᠳᠦᠰᠦᠨ ᠦ ᠰᠲᠷᠠᠲ᠋ᠧᠭᠢ》 ᠪᠠᠲᠤᠯᠠᠭᠳᠠᠯ᠎ᠠ


ᠺᠢᠪᠧᠷ ᠤᠷᠴᠢᠨ ᠳᠤ ᠲᠥᠷᠥ᠂ ᠢᠷᠭᠡᠨ᠂ ᠬᠠᠤᠯᠢ ᠶᠢᠨ ᠡᠲᠡᠭᠡᠳ ᠦᠨ ᠮᠡᠳᠡᠭᠡᠯᠡᠯ ᠦᠨ ᠪᠦᠷᠢᠨ ᠪᠦᠲᠦᠨ᠂ ᠨᠢᠭᠤᠴᠠᠯᠠᠭᠳᠠᠭᠰᠠᠨ᠂ ᠬᠦᠷᠲᠡᠭᠡᠮᠵᠢᠲᠡᠢ ᠪᠠᠶᠢᠳᠠᠯ ᠢ ᠬᠠᠩᠭᠠᠬᠤ ᠡᠨᠡᠬᠦ ᠰᠲᠷᠠᠲ᠋ᠧᠭᠢ ᠨᠢ ᠳᠠᠷᠠᠭᠠᠬᠢ ᠵᠣᠷᠢᠯᠲᠠ ᠨᠤᠭᠤᠳ ᠢ ᠳᠡᠪᠰᠢᠭᠦᠯᠦᠭᠰᠡᠨ᠃ ᠡᠭᠦᠨ ᠳᠦ᠄

-ᠺᠢᠪᠧᠷ ᠠᠶᠤᠯ ᠦᠭᠡᠢ ᠪᠠᠶᠢᠳᠠᠯ ᠢ ᠬᠠᠩᠭᠠᠬᠤ ᠵᠣᠬᠢᠴᠠᠭᠤᠯᠤᠯᠲᠠ ᠶᠢᠨ ᠣᠷᠴᠢᠨ ᠢ ᠰᠠᠶᠢᠵᠢᠷᠠᠭᠤᠯᠤᠨ ᠨᠢᠭᠡᠳᠦᠭᠰᠡᠨ ᠤᠳᠤᠷᠢᠳᠤᠯᠭ᠎ᠠ ᠶᠢᠨ ᠲᠣᠭᠲᠠᠯᠴᠠᠭ᠎ᠠ ᠶᠢ ᠪᠦᠷᠢᠳᠦᠭᠦᠯᠬᠦ

-ᠣᠨᠴᠠ ᠴᠢᠬᠤᠯᠠ ᠮᠡᠳᠡᠭᠡᠯᠡᠯ ᠦᠨ ᠳᠡᠳ᠋ ᠪᠦᠲᠦᠴᠡ ᠶᠢᠨ ᠺᠢᠪᠧᠷ ᠠᠶᠤᠯ ᠦᠭᠡᠢ ᠪᠠᠶᠢᠳᠠᠯ ᠢ ᠬᠠᠮᠠᠭᠠᠯᠠᠬᠤ

-ᠺᠢᠪᠧᠷ ᠠᠶᠤᠯ ᠦᠭᠡᠢ ᠪᠠᠶᠢᠳᠠᠯ ᠤᠨ ᠤᠶᠠᠨ ᠬᠠᠲᠠᠨ ᠪᠠᠶᠢᠳᠠᠯ ᠢ ᠰᠠᠶᠢᠵᠢᠷᠠᠭᠤᠯᠵᠤ᠂ ᠬᠠᠯᠳᠠᠯᠭ᠎ᠠ ᠳᠤ ᠬᠠᠷᠢᠭᠤ ᠦᠢᠯᠡᠳᠦᠯ ᠦᠵᠡᠭᠦᠯᠬᠦ ᠴᠢᠳᠠᠮᠵᠢ ᠶᠢ ᠪᠦᠷᠢᠳᠦᠭᠦᠯᠬᠦ

-ᠪᠦᠬᠦ ᠨᠡᠶᠢᠲᠡ ᠶᠢᠨ ᠺᠢᠪᠧᠷ ᠠᠶᠤᠯ ᠦᠭᠡᠢ ᠪᠠᠶᠢᠳᠠᠯ ᠤᠨ ᠮᠡᠳᠡᠯᠭᠡ ᠶᠢ ᠳᠡᠭᠡᠭᠰᠢᠯᠡᠭᠦᠯᠵᠦ᠂ ᠬᠦᠮᠦᠨ ᠦ ᠨᠥᠭᠡᠴᠡ ᠶᠢᠨ ᠴᠢᠳᠠᠪᠬ᠎ᠠ ᠶᠢ ᠨᠡᠮᠡᠭᠳᠡᠭᠦᠯᠬᠦ

-ᠭᠠᠳᠠᠭᠠᠳᠤ ᠪᠣᠯᠤᠨ ᠳᠣᠲᠣᠭᠠᠳᠤ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ

ᠺᠢᠪᠧᠷ ᠠᠶᠤᠯ ᠦᠭᠡᠢ ᠪᠠᠶᠢᠳᠠᠯ ᠤᠨ ᠦᠨᠳᠦᠰᠦᠨ ᠦ ᠰᠲᠷᠠᠲ᠋ᠧᠭᠢ ᠶᠢ ᠬᠡᠷᠡᠭᠵᠢᠭᠦᠯᠦᠭᠰᠡᠨ ᠢᠶᠡᠷ ᠮᠣᠩᠭᠣᠯ ᠤᠯᠤᠰ ᠤᠨ ᠺᠢᠪᠧᠷ ᠬᠠᠯᠳᠠᠯᠭ᠎ᠠ ᠠᠴᠠ ᠤᠷᠢᠳᠴᠢᠯᠠᠨ ᠰᠡᠷᠭᠡᠶᠢᠯᠡᠬᠦ᠂ ᠬᠠᠯᠳᠠᠯᠭ᠎ᠠ ᠳᠤ ᠬᠠᠷᠢᠭᠤ ᠦᠢᠯᠡᠳᠦᠯ ᠦᠵᠡᠭᠦᠯᠬᠦ᠂ ᠲᠠᠰᠤᠯᠤᠨ ᠵᠣᠭᠰᠣᠭᠠᠬᠤ᠂ ᠺᠢᠪᠧᠷ ᠭᠡᠮᠲᠦ ᠬᠡᠷᠡᠭ ᠲᠡᠢ ᠲᠡᠮᠡᠴᠡᠬᠦ ᠲᠣᠭᠲᠠᠯᠴᠠᠭ᠎ᠠ ᠪᠡᠬᠢᠵᠢᠵᠦ᠂ ᠺᠢᠪᠧᠷ ᠠᠶᠤᠯ ᠦᠭᠡᠢ ᠪᠠᠶᠢᠳᠠᠯ ᠢ ᠬᠠᠩᠭᠠᠬᠤ ᠬᠠᠮᠲᠤ ᠶᠢᠨ ᠠᠵᠢᠯᠯᠠᠭ᠎ᠠ ᠥᠷᠭᠡᠵᠢᠨ᠂ ᠺᠢᠪᠧᠷ ᠤᠷᠴᠢᠨ ᠳᠤ ᠲᠥᠷᠥ᠂ ᠢᠷᠭᠡᠨ᠂ ᠬᠠᠤᠯᠢ ᠶᠢᠨ ᠡᠲᠡᠭᠡᠳ ᠦᠨ ᠮᠡᠳᠡᠭᠡᠯᠡᠯ ᠦᠨ ᠠᠶᠤᠯ ᠦᠭᠡᠢ ᠪᠠᠶᠢᠳᠠᠯ ᠢ ᠬᠠᠩᠭᠠᠬᠤ᠂ ᠢᠷᠭᠡᠳ ᠦᠨ ᠮᠡᠳᠡᠯᠭᠡ᠂ ᠣᠶᠢᠯᠠᠭᠠᠯᠲᠠ ᠶᠢ ᠳᠡᠭᠡᠭᠰᠢᠯᠡᠭᠦᠯᠬᠦ᠂ ᠵᠣᠬᠢᠰᠲᠠᠢ ᠬᠡᠷᠡᠭᠯᠡᠭᠡ ᠶᠢ ᠲᠥᠯᠦᠪᠰᠢᠭᠦᠯᠬᠦ ᠳᠦ ᠴᠢᠬᠤᠯᠠ ᠠᠴᠢ ᠬᠣᠯᠪᠣᠭᠳᠠᠯ ᠲᠠᠢ ᠶᠤᠮ᠃

ᠮᠡᠳᠡᠭᠡᠯᠡᠯ ᠦᠨ ᠳᠡᠯᠭᠡᠷᠡᠩᠭᠦᠢ ᠶᠢ᠄

https᠄//legalinfo.mn/mn/detail?lawId=16532522757001

ᠨᠡᠶᠢᠲᠡᠯᠡᠭᠰᠡᠨ᠄