ᠼᠠ᠊ ᠬᠥ᠊ ᠬᠠ᠊ ᠬᠣ᠊- ᠍ᠤ ᠰᠠᠶᠢᠳ ᠨ ∙ ᠤᠴᠠᠷᠠᠯ᠄ ᠣᠷᠣᠨ ᠳᠠᠶᠠᠭᠠᠷ ᠲᠥᠷᠥ ᠶᠢᠨ ᠦᠢᠯᠡᠴᠢᠯᠡᠭᠡ ᠶᠢ ᠴᠠᠬᠢᠮ ᠬᠡᠯᠪᠡᠷᠢ ᠪᠡᠷ ᠨᠢᠭᠡᠳᠦᠭᠰᠡᠨ ᠮᠧᠨᠧᠵᠮᠧᠨᠲ ᠢᠶᠡᠷ ᠬᠠᠮᠢᠭ᠎ᠠ ᠠᠴᠠ ᠴᠤ ᠣᠶᠢᠷᠠᠬᠠᠨ ᠦᠵᠡᠭᠦᠯᠦᠨ᠎ᠡ


ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠨᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠒᠐᠑᠙ ᠣᠨ ᠤ ᠑᠔᠙ ᠳ᠋ᠦ᠋ᠭᠡᠷ ᠲᠣᠭᠲᠠᠭᠠᠯ ᠢᠶᠠᠷ ᠪᠠᠶᠢᠭᠤᠯᠤᠭᠳᠠᠭᠰᠠᠨ᠃ ᠲᠤᠰ ᠭᠠᠵᠠᠷ ᠨᠢ ᠲᠥᠷᠦ ᠶᠢᠨ ᠦᠢᠯᠡᠴᠢᠯᠡᠭᠡᠨ ᠦ ᠨᠢᠭᠡᠳᠦᠭᠰᠡᠨ ᠲᠥᠪ ᠦᠨ ᠦᠢᠯᠡ ᠠᠵᠢᠯᠯᠠᠭ᠎ᠠ᠂ ᠦᠢᠯᠡᠴᠢᠯᠡᠭᠡ ᠦᠵᠡᠭᠦᠯᠬᠦ ᠰᠢᠰᠲ᠋ᠧᠮ ᠦᠨ ᠠᠰᠢᠭᠯᠠᠯᠲᠠ ᠶᠢ ᠨᠢᠭᠡᠳᠦᠭᠰᠡᠨ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠪᠠᠷ ᠬᠠᠩᠭᠠᠨ ᠠᠵᠢᠯᠯᠠᠬᠤ ᠶᠢᠨ ᠵᠡᠷᠭᠡᠴᠡᠭᠡ ᠪᠡᠷ ᠲᠥᠷᠦ ᠶᠢᠨ ᠦᠢᠯᠡᠴᠢᠯᠡᠭᠡ ᠶᠢ ᠴᠠᠬᠢᠮ ᠬᠡᠯᠪᠡᠷᠢ ᠪᠡᠷ ᠦᠵᠡᠭᠦᠯᠦᠨ ᠠᠵᠢᠯᠯᠠᠨ᠎ᠠ᠃

ᠡᠨᠡ ᠬᠦᠷᠢᠶᠡᠨ ᠳᠦ ᠼᠠ᠊ ᠬᠥ᠊ ᠬᠠ᠊ ᠬᠣ᠊- ᠤ ᠰᠠᠶᠢᠳ ᠨ ∙ ᠤᠴᠠᠷᠠᠯ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ᠂ ᠲᠠᠮᠠᠭ᠎ᠠ ᠶᠢᠨ ᠭᠠᠵᠠᠷ ᠤᠨ ᠳᠠᠷᠤᠭ᠎ᠠ ᠨᠠᠷ ᠲᠠᠢ ᠴᠠᠬᠢᠮ ᠢᠶᠠᠷ ᠠᠭᠤᠯᠵᠠᠵᠤ᠂ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠯ᠎ᠠ᠃ ᠲᠤᠬᠠᠶᠢᠯᠠᠪᠠᠯ ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠦᠢᠯᠡ ᠠᠵᠢᠯᠯᠠᠭ᠎ᠠ ᠶᠢ ᠡᠬᠢᠯᠡᠭᠦᠯᠬᠦ᠂ ᠬᠡᠪ ᠦᠨ ᠦᠢᠯᠡ ᠠᠵᠢᠯᠯᠠᠭ᠎ᠠ ᠶᠢ ᠬᠠᠩᠭᠠᠬᠤ᠂ ᠣᠯᠠᠨ ᠨᠡᠶᠢᠲᠡ ᠳᠦ ᠰᠤᠷᠲᠠᠯᠴᠢᠯᠠᠨ ᠲᠠᠨᠢᠭᠤᠯᠬᠤ᠂ ᠣᠷᠣᠨ ᠨᠤᠲᠤᠭ ᠳ᠋ᠠᠬᠢ ᠰᠠᠯᠪᠤᠷᠢ ᠨᠢᠭᠡᠴᠡ ᠶᠢᠨ ᠠᠵᠢᠯᠯᠠᠬᠤ ᠪᠠᠶᠢᠷᠢ᠂ ᠲᠠᠯᠠᠪᠠᠢ᠂ ᠣᠷᠴᠢᠨ ᠢ ᠲᠣᠬᠢᠵᠢᠭᠤᠯᠬᠤ᠂ ᠬᠠᠶ᠋ᠢᠭᠵᠢᠯᠲᠡ᠂ ᠲᠧᠭᠨᠢᠭ᠂ ᠲᠣᠨᠣᠭ ᠲᠥᠬᠦᠭᠡᠷᠦᠮᠵᠢ ᠶᠢᠨ ᠪᠣᠯᠤᠨ ᠱᠠᠭᠠᠷᠳᠠᠯᠭ᠎ᠠ ᠲᠠᠢ ᠪᠤᠰᠤᠳ ᠵᠠᠷᠤᠳᠠᠯ ᠢ ᠬᠡᠷᠬᠢᠨ ᠰᠢᠢᠳᠪᠦᠷᠢᠯᠡᠬᠦ ᠲᠠᠯ᠎ᠠ ᠪᠠᠷ ᠶᠠᠷᠢᠯᠴᠠᠯ᠎ᠠ᠃

ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠨᠢ ᠴᠢᠨᠠᠭᠰᠢᠳᠠ ᠠᠶᠢᠮᠠᠭ᠂ ᠣᠷᠣᠨ ᠨᠤᠲᠤᠭ ᠳ᠋ᠠᠬᠢ ᠲᠥᠷᠦ ᠶᠢᠨ ᠦᠢᠯᠡᠴᠢᠯᠡᠭᠡᠨ ᠦ ᠨᠢᠭᠡᠳᠦᠭᠰᠡᠨ ᠲᠥᠪ ᠦᠳ ᠲᠦ ᠮᠧᠨᠧᠵᠮᠧᠨᠲ ᠦᠨ ᠰᠢᠨᠡᠴᠢᠯᠡᠯ ᠬᠢᠵᠦ᠂ ᠦᠢᠴᠢᠯᠡᠭᠡᠨ ᠦ ᠰᠣᠶᠣᠯ ᠢ ᠰᠠᠶᠢᠵᠢᠷᠠᠭᠤᠯᠵᠤ᠂ ᠨᠢᠭᠡ ᠴᠣᠩᠬᠣᠨ ᠤ ᠬᠤᠷᠳᠤᠨ ᠦᠢᠯᠡᠴᠢᠯᠡᠭᠡ ᠶᠢ ᠢᠷᠭᠡᠳ ᠲᠦ ᠬᠠᠮᠢᠭ᠎ᠠ ᠠᠴᠠ ᠴᠤ ᠣᠶᠢᠷᠠᠬᠠᠨ ᠬᠦᠷᠭᠡᠨ᠎ᠡ᠃

ᠠᠶᠢᠮᠠᠭ ᠤᠨ ᠵᠠᠰᠠᠭ ᠳᠠᠷᠤᠭ᠎ᠠ᠂ ᠲᠠᠮᠠᠭ᠎ᠠ ᠶᠢᠨ ᠭᠠᠵᠠᠷ ᠤᠨ ᠳᠠᠷᠤᠭ᠎ᠠ᠂ ᠬᠣᠯᠪᠣᠭᠣᠳᠠᠬᠤ ᠠᠯᠪᠠᠨ ᠬᠠᠭᠠᠭᠴᠢᠳ ᠬᠡᠯᠡᠬᠦ ᠳᠦ ᠪᠡᠨ ᠲᠥᠷᠥ ᠶᠢᠨ ᠦᠢᠯᠡᠴᠢᠯᠡᠭᠡ ᠶᠢ ᠢᠷᠭᠡᠳ ᠲᠦ ᠣᠶᠢᠷᠠᠲᠤᠭᠤᠯᠵᠤ᠂ ᠬᠤᠷᠳᠤᠨ᠂ ᠰᠢᠭᠤᠷᠬᠠᠢ ᠦᠵᠡᠭᠦᠯᠬᠦ ᠠᠵᠢᠯ ᠢ ᠳᠡᠮᠵᠢᠵᠦ ᠪᠠᠶᠢᠭ᠎ᠠ ᠪᠠᠨ ᠢᠯᠡᠷᠬᠡᠶᠢᠯᠡᠵᠦ᠂ ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠦᠢᠯᠡ ᠠᠵᠢᠯᠯᠠᠭ᠎ᠠ ᠲᠠᠢ ᠬᠣᠯᠪᠣᠭ᠎ᠠ ᠲᠠᠢ ᠰᠠᠨᠠᠯ ᠢᠶᠠᠨ ᠬᠡᠯᠡᠯ᠎ᠡ᠃

ᠠᠭᠤᠯᠵᠠᠯᠲᠠ ᠳᠤ ᠼᠠ᠊ ᠬᠥ᠊ ᠬᠠ᠊ ᠬᠣ᠊ ᠶᠠ᠊- ᠤ ᠲᠥᠷᠦ ᠶᠢᠨ ᠨᠠᠷᠢᠨ ᠪᠢᠴᠢᠭ ᠦᠨ ᠳᠠᠷᠤᠭ᠎ᠠ ᠶᠢᠨ ᠠᠯᠪᠠᠨ ᠡᠭᠦᠷᠭᠡ ᠶᠢ ᠲᠦᠷᠢ ᠣᠷᠣᠯᠠᠨ ᠭᠦᠢᠴᠡᠳᠭᠡᠭᠴᠢ᠂ ᠲᠥᠷᠦ ᠶᠢᠨ ᠵᠠᠬᠢᠷᠭ᠎ᠠ ᠤᠳᠤᠷᠢᠳᠤᠯᠭ᠎ᠠ ᠶᠢᠨ ᠭᠠᠵᠠᠷ ᠤᠨ ᠳᠠᠷᠤᠭ᠎ᠠ ᠪ ∙ ᠪᠠᠲᠤᠴᠡᠴᠡᠭ᠂ ᠼᠠ᠊ ᠬᠥ᠊ ᠬᠠ᠊ ᠬᠣ᠊ ᠶᠠ᠊ ᠍ ᠤ ᠴᠠᠬᠢᠮ ᠬᠥᠭᠵᠢᠯ ᠦᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠪ ∙ ᠪᠢᠯᠢᠭᠳᠡᠮᠪᠡᠷᠢᠯ᠂ ᠼᠠ᠊ ᠬᠥ᠊ ᠬᠠ᠊ ᠬᠣ᠊ ᠶᠠ᠊- ᠤ ᠴᠠᠬᠢᠮ ᠵᠠᠰᠠᠭᠯᠠᠯ ᠤᠨ ᠬᠡᠯᠲᠡᠰ ᠦᠨ ᠳᠠᠷᠤᠭ᠎ᠠ ᠪ ∙ ᠵᠣᠯᠪᠣᠭ᠎ᠠ᠂ ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠫ ∙ ᠪᠠᠲᠤᠪᠠᠭᠠᠲᠤᠷ᠂ ᠦᠢᠯᠡᠴᠢᠯᠡᠭᠡᠨ ᠦ ᠨᠢᠭᠡᠳᠦᠭᠰᠡᠨ ᠲᠥᠪ ᠦᠨ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠪ ∙ ᠣᠷᠭᠢᠯ ᠪᠣᠯᠤᠨ ᠬᠣᠯᠪᠣᠭᠳᠠᠬᠤ ᠨᠢᠭᠡᠴᠡ ᠶᠢᠨ ᠤᠳᠤᠷᠢᠳᠤᠯᠭ᠎ᠠ᠂ ᠠᠯᠪᠠᠨ ᠬᠠᠭᠠᠭᠴᠢᠳ᠂ ᠠᠶᠢᠮᠠᠭ ᠤᠨ ᠵᠠᠰᠠᠭ ᠳᠠᠷᠤᠭ᠎ᠠ᠂ ᠲᠠᠮᠠᠭ᠎ᠠ ᠶᠢᠨ ᠭᠠᠵᠠᠷ ᠤᠨ ᠳᠠᠷᠤᠭ᠎ᠠ᠂ ᠬᠣᠯᠪᠣᠭᠣᠳᠠᠬᠤ ᠠᠯᠪᠠᠨ ᠬᠠᠭᠠᠭᠴᠢᠳ ᠣᠷᠣᠯᠴᠠᠯ᠎ᠠ᠃

ᠨᠡᠶᠢᠲᠡᠯᠡᠭᠰᠡᠨ᠄