ᠲᠥᠷᠦ ᠶᠢᠨ ᠫᠷᠣᠭᠷᠠᠮ ᠬᠠᠩᠭᠠᠮᠵᠢ ᠬᠤᠳᠠᠯᠳᠤᠨ ᠠᠪᠤᠯᠲᠠ ᠶᠢᠨ ᠤᠶᠠᠯᠳᠤᠭ᠎ᠠ ᠬᠣᠯᠪᠣᠭ᠎ᠠ ᠶᠢ ᠬᠠᠩᠭᠠᠵᠤ᠂ ᠳᠠᠪᠬᠤᠷᠳᠠᠯ ᠢ ᠠᠷᠢᠯᠭᠠᠵᠤ᠂ ᠦᠷ᠎ᠡ ᠦᠭᠡᠢ ᠵᠠᠷᠤᠳᠠᠯ ᠢ ᠪᠠᠭᠤᠷᠠᠭᠤᠯᠤᠨ᠎ᠠ᠃


ᠲᠥᠷᠦ ᠶᠢᠨ ᠪᠠᠶᠢᠭᠤᠯᠤᠯᠭ᠎ᠠ ᠫᠷᠣᠭᠷᠠᠮ ᠬᠠᠩᠭᠠᠮᠵᠢ ᠶᠢᠨ ᠬᠤᠳᠠᠯᠳᠤᠨ ᠠᠪᠤᠯᠲᠠ ᠬᠢᠬᠦ ᠳᠦ ᠪᠡᠨ ᠨᠡᠩ ᠲᠡᠷᠢᠭᠦᠨ ᠳᠦ ᠳᠣᠲᠣᠭᠠᠳᠤ ᠶᠢᠨ ᠢᠶᠠᠨ ᠺᠣᠮᠫᠠᠨᠢ ᠨᠤᠭᠤᠳ ᠤᠨ ᠪᠦᠲᠦᠭᠡᠭᠰᠡᠨ ᠪᠦᠲᠦᠭᠡᠭᠳᠡᠬᠦᠨ᠂ ᠦᠢᠯᠡᠴᠢᠯᠡᠭᠡ ᠶᠢ ᠬᠤᠳᠠᠯᠳᠤᠨ ᠠᠪᠴᠤ ᠪᠠᠶᠢᠬᠤ ᠬᠠᠤᠯᠢ᠂ ᠡᠷᠬᠡ ᠵᠦᠢ ᠶᠢᠨ ᠣᠷᠴᠢᠨ ᠢ ᠪᠦᠷᠢᠳᠦᠭᠦᠯᠬᠦ᠂ ᠦᠨᠳᠦᠰᠦᠨ ᠦ ᠳᠡᠳ᠋ ᠪᠦᠲᠦᠴᠡ ᠳᠦ ᠰᠠᠭᠤᠷᠢᠯᠠᠭᠰᠠᠨ ᠬᠤᠳᠠᠯᠳᠤᠨ ᠠᠪᠤᠯᠲᠠ ᠶᠢᠨ ᠴᠣᠭᠴᠠ ᠰᠢᠰᠲ᠋ᠧᠮ ᠪᠤᠢ ᠪᠣᠯᠭᠠᠬᠤ᠂ ᠲᠡᠭᠦᠨ ᠳᠦ ᠪᠠᠶᠢᠷᠢᠰᠢᠬᠤ ᠫᠷᠣᠭᠷᠠᠮ ᠬᠠᠩᠭᠠᠮᠵᠢ ᠶᠢᠨ ᠪᠦᠲᠦᠭᠡᠭᠳᠡᠬᠦᠨ ᠳᠦ ᠲᠠᠯᠪᠢᠭᠳᠠᠬᠤ ᠱᠠᠭᠠᠷᠳᠠᠯᠭ᠎ᠠ ᠶᠢᠨ ᠲᠠᠯ᠎ᠠ ᠪᠠᠷ ᠰᠠᠨᠠᠯ ᠪᠣᠯᠪᠠᠰᠤᠷᠠᠭᠤᠯᠵᠤ ᠲᠠᠨᠢᠯᠴᠠᠭᠤᠯᠬᠤ ᠡᠭᠦᠷᠭᠡ ᠪᠦᠬᠦᠢ ᠠᠵᠢᠯ ᠤᠨ ᠬᠡᠰᠡᠭ ᠦᠨ ᠡᠨᠡ ᠤᠳᠠᠭ᠎ᠠ ᠶᠢᠨ ᠬᠤᠷᠠᠯᠳᠤᠭᠠᠨ ᠳᠤ ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠤ ᠶᠠᠮᠤ᠂ ᠰᠠᠩ ᠤᠨ ᠶᠠᠮᠤ᠂ ᠲᠥᠷᠦ ᠶᠢᠨ ᠬᠤᠳᠠᠯᠳᠤᠨ ᠠᠪᠬᠤ ᠠᠵᠢᠯᠯᠠᠭᠠᠨ ᠤ ᠭᠠᠵᠠᠷ᠂ ᠫᠷᠣᠭᠷᠠᠮ ᠦᠢᠯᠡᠳᠪᠦᠷᠢᠯᠡᠭᠴᠢ ᠨᠠᠷ ᠤᠨ ᠲᠥᠯᠦᠭᠡᠯᠡᠯ ᠣᠷᠣᠯᠴᠠᠯ᠎ᠠ᠃

ᠲᠥᠷᠥ ᠫᠷᠣᠭᠷᠠᠮ ᠬᠠᠩᠭᠠᠮᠵᠢ ᠶᠢᠨ ᠰᠠᠯᠪᠤᠷᠢ ᠳᠤ ᠬᠤᠪ ᠤᠨ ᠬᠡᠪᠰᠢᠯ ᠲᠡᠢ ᠥᠷᠢᠰᠦᠯᠳᠡᠬᠦ ᠦᠭᠡᠢ᠂ ᠨᠢᠭᠡᠨᠲᠡ ᠪᠦᠲᠦᠭᠡᠭᠰᠡᠨ ᠫᠷᠣᠭᠷᠠᠮ ᠬᠠᠩᠭᠠᠮᠵᠢ ᠶᠢ ᠳᠠᠪᠬᠤᠷᠳᠠᠭᠤᠯᠤᠨ ᠬᠢᠯᠭᠡᠬᠦ ᠦᠭᠡᠢ᠂ ᠬᠤᠳᠠᠯᠳᠤᠵᠤ ᠠᠪᠬᠤ ᠦᠭᠡᠢ᠂ ᠬᠤᠪ ᠤᠨ ᠬᠡᠪᠰᠢᠯ ᠦᠨ ᠬᠥᠭᠵᠢᠬᠦ ᠪᠣᠯᠤᠮᠵᠢ ᠶᠢ ᠬᠠᠭᠠᠯ ᠦᠭᠡᠢ ᠪᠡᠷ ᠲᠦᠩᠰᠢᠯᠡᠵᠦ ᠠᠵᠢᠯᠯᠠᠨ᠎ᠠ᠃

ᠲᠥᠷᠥ ᠶᠢᠨ ᠫᠷᠣᠭᠷᠠᠮ ᠬᠠᠩᠭᠠᠮᠵᠢ ᠳᠤ ᠲᠠᠯᠪᠢᠭᠳᠠᠬᠤ ᠱᠠᠭᠠᠷᠳᠠᠯᠭ᠎ᠠ ᠨᠥᠬᠥᠴᠡᠯ ᠰᠲ᠋ᠠᠨᠳᠠᠷᠲ ᠢ ᠴᠠ᠊ ᠬᠥ᠊ ᠬᠠ᠊ ᠬᠣ᠊ ᠶᠠᠮᠤ ᠪᠣᠯᠪᠠᠰᠤᠷᠠᠭᠤᠯᠵᠤ ᠴᠢᠨᠠᠭᠰᠢᠳᠠ ᠲᠤᠰ ᠰᠲ᠋ᠠᠨᠳᠠᠷᠲ ᠢ ᠬᠠᠩᠭᠠᠭᠰᠠᠨ ᠪᠦᠲᠦᠭᠡᠭᠳᠡᠬᠦᠨ ᠢ ᠬᠤᠳᠠᠯᠳᠤᠨ ᠠᠪᠬᠤ ᠱᠠᠭᠠᠷᠳᠠᠯᠭ᠎ᠠ ᠶᠢ ᠬᠠᠩᠭᠠᠭᠤᠯᠤᠨ᠎ᠠ᠃

ᠱᠠᠭᠠᠷᠳᠠᠯᠭ᠎ᠠ ᠬᠠᠩᠭᠠᠭᠰᠠᠨ ᠪᠦᠲᠦᠭᠡᠭᠳᠡᠬᠦᠨ᠂ ᠦᠢᠯᠡᠴᠢᠯᠡᠭᠡ ᠶᠢ ᠦᠨᠳᠦᠰᠦᠨ ᠦ ᠳᠡᠳ᠋ ᠪᠦᠲᠦᠴᠡ ᠳᠦ ᠰᠠᠭᠤᠷᠢᠯᠠᠭᠰᠠᠨ ᠫᠷᠣᠭᠷᠠᠮ ᠬᠠᠩᠭᠠᠮᠵᠢ ᠬᠤᠳᠠᠯᠳᠤᠨ ᠠᠪᠤᠯᠲᠠ ᠶᠢᠨ ᠰᠢᠰᠲ᠋ᠧᠮ ᠳᠦ ᠪᠠᠶᠢᠷᠢᠰᠢᠭᠤᠯᠤᠨ ᠲᠥᠷᠦ ᠶᠢᠨ ᠬᠤᠳᠠᠯᠳᠤᠨ ᠠᠪᠬᠤ ᠠᠵᠢᠯᠯᠠᠭᠠᠨ ᠳᠤ ᠣᠷᠤᠯᠴᠠᠭᠤᠯᠬᠤ᠂ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ ᠴᠢᠭᠯᠡᠯ ᠳᠦ ᠳᠡᠮᠵᠢᠨ ᠠᠵᠢᠯᠯᠠᠬᠤ ᠪᠣᠯᠤᠨ᠎ᠠ᠃

ᠴᠢᠨᠠᠭᠰᠢᠳᠠ ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠤ ᠶᠠᠮᠤ ᠲᠥᠷᠦ ᠶᠢᠨ ᠫᠷᠣᠭᠷᠠᠮ ᠬᠠᠩᠭᠠᠮᠵᠢ ᠶᠢᠨ ᠬᠤᠳᠠᠯᠳᠤᠨ ᠠᠪᠤᠯᠲᠠ ᠳᠤ ᠮᠡᠷᠭᠡᠵᠢᠯ ᠦᠨ ᠵᠥᠪᠯᠡᠮᠵᠢ ᠦᠭᠬᠦ᠂ ᠳ᠋ᠦᠩᠨᠡᠯᠲᠡ ᠭᠠᠷᠭᠠᠬᠤ ᠪᠠᠶᠢᠳᠠᠯ ᠢᠶᠠᠷ ᠬᠠᠮᠲᠤᠷᠠᠨ ᠬᠡᠷᠡᠭᠵᠢᠭᠦᠯᠵᠦ ᠤᠶᠠᠯᠳᠤᠭ᠎ᠠ ᠬᠣᠯᠪᠣᠭ᠎ᠠ ᠶᠢ ᠬᠠᠩᠭᠠᠬᠤ᠂ ᠳᠠᠪᠬᠤᠷᠳᠠᠯ ᠢ ᠠᠷᠢᠯᠭᠠᠬᠤ᠂ ᠦᠷ᠎ᠡ ᠦᠭᠡᠢ ᠵᠠᠷᠤᠳᠠᠯ ᠢ ᠪᠠᠭᠤᠷᠠᠭᠤᠯᠬᠤ ᠳᠤ ᠪᠣᠳᠠᠲᠠᠢ ᠦᠷ᠎ᠡ ᠳ᠋ᠦᠩ ᠭᠠᠷᠭᠠᠬᠤ ᠪᠣᠯᠤᠨ᠎ᠠ᠃

ᠨᠡᠶᠢᠲᠡᠯᠡᠭᠰᠡᠨ᠄