ᠠᠯᠤᠰ ᠤᠨ ᠬᠠᠷᠠᠭ᠎ᠠ
ᠬᠠᠷᠢᠯᠴᠠᠭ᠎ᠠ᠂ ᠬᠣᠯᠪᠣᠭ᠎ᠠ ᠮᠡᠳᠡᠭᠡᠯᠡᠯ ᠲᠧᠭᠨᠣᠯᠣᠭᠢ ᠶᠢᠨ ᠬᠥᠭᠵᠢᠯ᠂ ᠳᠡᠪᠰᠢᠯ ᠨᠢ ᠮᠣᠩᠭᠣᠯ ᠤᠯᠤᠰ ᠤᠨ ᠬᠥᠭᠵᠢᠯ ᠦᠨ ᠬᠤᠷᠳᠤᠰᠬᠠᠭᠤᠷ ᠪᠠᠶᠢᠨ᠎ᠠ᠃
ᠡᠷᠬᠢᠮ ᠵᠣᠷᠢᠯᠭ᠎ᠠ
ᠮᠣᠩᠭᠣᠯ ᠤᠯᠤᠰ ᠤᠨ ᠨᠡᠶᠢᠭᠡᠮ᠂ ᠡᠳ᠋ ᠍ ᠦᠨ ᠵᠠᠰᠠᠭ ᠤᠨ ᠰᠠᠯᠪᠤᠷᠢ ᠳᠤ ᠬᠠᠷᠢᠯᠴᠠᠭ᠎ᠠ᠂ ᠬᠣᠯᠪᠣᠭ᠎ᠠ ᠮᠡᠳᠡᠭᠡᠯᠡᠯ ᠦᠨ ᠲᠧᠭᠨᠣᠯᠣᠭᠢ ᠶᠢᠨ ᠳᠡᠪᠰᠢᠯᠲᠡᠲᠦ ᠲᠧᠭᠨᠣᠯᠣᠭᠢ ᠶᠢ ᠨᠡᠪᠲᠡᠷᠡᠭᠦᠯᠵᠦ᠂ ᠮᠡᠳᠡᠯᠭᠡ ᠣᠶᠤᠨ ᠳᠤ ᠲᠤᠯᠭᠠᠭᠤᠷᠢᠯᠠᠭᠰᠠᠨ ᠴᠠᠬᠢᠮ ᠦᠨᠳᠦᠰᠦᠲᠡᠨ ᠢ ᠴᠣᠭᠴᠠᠯᠠᠭᠠᠨ ᠬᠥᠭᠵᠢᠭᠦᠯᠦᠨ᠎ᠡ᠃
ᠰᠲ᠋ᠷᠠᠲ᠋ᠧᠭᠢ ᠶᠢᠨ ᠵᠣᠷᠢᠯᠭ᠎ᠠ
ᠮᠣᠩᠭᠣᠯ ᠤᠯᠤᠰ ᠤᠨ ᠤᠷᠲᠤ ᠬᠤᠭᠤᠴᠠᠭᠠᠨ ᠤ ᠪᠣᠳᠣᠯᠭ᠎ᠠ ᠶᠢᠨ ᠪᠠᠷᠢᠮᠲᠠ ᠪᠢᠴᠢᠭ 《ᠠᠯᠤᠰ ᠤᠨ ᠬᠠᠷᠠᠭ᠎ᠠ – 2050》᠂ ᠵᠠᠰᠠᠭ ᠤᠨ ᠭᠠᠵᠠᠷ ᠤᠨ 2021-2024 ᠣᠨ ᠤ ᠦᠢᠯᠡ ᠠᠵᠢᠯᠯᠠᠭᠠᠨ ᠤ ᠬᠥᠲᠦᠯᠪᠦᠷᠢ ᠳᠦ ᠣᠯᠠᠨ ᠤᠯᠤᠰ ᠲᠤ ᠥᠷᠢᠰᠦᠯᠳᠡᠬᠦ ᠴᠢᠳᠠᠪᠤᠷᠢ ᠪᠦᠬᠦᠢ ᠦᠨᠳᠦᠰᠦᠨ ᠦ ᠰᠢᠨᠵᠢᠯᠡᠬᠦ ᠤᠬᠠᠭᠠᠨ᠂ ᠲᠧᠭᠨᠣᠯᠣᠭᠢ᠂ ᠢᠨᠨᠣᠸᠠᠼ ᠢ ᠬᠥᠭᠵᠢᠭᠦᠯᠬᠦ ᠵᠠᠮ ᠢᠶᠠᠷ ᠡᠳ᠋ ᠍ ᠦᠨ ᠵᠠᠰᠠᠭ ᠤᠨ ᠲᠡᠷᠢᠭᠦᠯᠡᠬᠦ ᠴᠢᠭᠯᠡᠯ ᠦᠨ ᠨᠢᠭᠡ ᠪᠣᠯᠭᠠᠬᠤ ᠵᠣᠷᠢᠯᠲᠠ ᠲᠠᠯᠪᠢᠵᠤ᠂ 《ᠴᠠᠬᠢᠮ ᠦᠨᠳᠦᠰᠦᠲᠡᠨ》 ᠪᠣᠯᠬᠤ ᠤᠷᠢᠶᠠᠯᠭ᠎ᠠ ᠶᠢ ᠳᠡᠪᠰᠢᠭᠦᠯᠵᠦ ᠪᠤᠢ᠃ ᠡᠨᠡᠬᠦ ᠠᠵᠢᠯ ᠤᠨ ᠬᠦᠷᠢᠶᠡᠨ ᠳᠦ ᠳ᠋ᠢᠵᠢᠲᠠᠯ᠎ᠠ ᠳᠡᠳ᠋ ᠪᠦᠲᠦᠴᠡ᠂ ᠴᠠᠬᠢᠮ ᠵᠠᠰᠠᠭᠯᠠᠯ᠂ ᠮᠡᠳᠡᠭᠡᠯᠡᠯ ᠦᠨ ᠠᠶᠤᠯ ᠦᠭᠡᠢ ᠪᠠᠶᠢᠳᠠᠯ᠂ ᠲᠣᠭᠠᠨ ᠪᠢᠴᠢᠭ ᠦᠰᠦᠭ ᠦᠨ ᠴᠢᠳᠠᠪᠬ᠎ᠠ᠂ ᠢᠨᠨᠣᠸᠠᠼᠢ ᠦᠢᠯᠡᠳᠪᠦᠷᠢᠯᠡᠯ᠂ ᠦᠨᠳᠦᠰᠦᠨ ᠦ ᠬᠥᠭᠵᠢᠯ ᠦᠨ ᠬᠤᠷᠳᠤᠰᠬᠠᠭᠤᠷ ᠭᠡᠰᠡᠨ ᠰᠲᠷᠠᠲ᠋ᠧᠭᠢ ᠶᠢᠨ ᠵᠢᠷᠭᠤᠭᠠᠨ ᠵᠣᠷᠢᠯᠭ᠎ᠠ ᠶᠢ ᠪᠠᠲᠤᠯᠠᠯ᠎ᠠ᠃

᠐᠑᠃ ᠳᠢᠵᠢᠲ᠋ᠠᠯ ᠳᠡᠳ ᠪᠦᠲᠡᠴᠡ
ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠥᠰᠦᠨ ᠨᠡᠮᠡᠭᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤᠶᠢᠴᠠ ᠰᠠᠭᠤᠷᠢ ᠳᠡᠳ᠋ ᠪᠦᠲᠦᠴᠡ ᠶᠢᠨ ᠪᠡᠯᠡᠨ ᠪᠠᠶᠢᠳᠠᠯ ᠢ ᠬᠠᠩᠭᠠᠨ᠎ᠠ᠃

᠐᠒᠃ ᠴᠠᠬᠢᠮ ᠵᠠᠰᠠᠭᠯᠠᠯ
ᠨᠡᠶᠢᠭᠡᠮ᠂ ᠡᠳ᠋ ᠍ ᠦᠨ ᠵᠠᠰᠠᠭ ᠤᠨ ᠪᠦᠬᠦ ᠰᠠᠯᠪᠤᠷᠢ ᠳᠤ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ᠂ ᠢᠨᠨᠣᠸᠠᠼ ᠢ ᠨᠡᠪᠲᠡᠷᠡᠭᠦᠯᠵᠦ᠂ ᠪᠦᠲᠦᠭᠡᠮᠵᠢ᠂ ᠥᠷᠢᠰᠦᠯᠳᠦᠬᠦ ᠴᠢᠳᠠᠪᠤᠷᠢ᠂ ᠦᠷ᠎ᠡ ᠠᠰᠢᠭ ᠢ ᠨᠡᠮᠡᠭᠳᠡᠭᠦᠯᠬᠦ ᠵᠠᠮ ᠢᠶᠠᠷ ᠬᠦᠨᠳᠦ ᠰᠤᠷᠲᠠᠯ ᠦᠭᠡᠢ᠂ ᠢᠯᠡ ᠲᠣᠳᠣ ᠴᠠᠬᠢᠮ ᠵᠠᠰᠠᠭᠯᠠᠯ ᠢ ᠪᠦᠷᠢᠳᠦᠭᠦᠯᠦᠨ᠎ᠡ᠃

᠐᠓᠃ ᠮᠡᠳᠡᠭᠡᠯᠡᠯ ᠦᠨ ᠠᠶᠤᠯ ᠦᠭᠡᠶ ᠪᠠᠶᠢᠳᠠᠯ
ᠴᠠᠬᠢᠮ ᠣᠷᠴᠢᠨ ᠳᠤ ᠦᠨᠳᠦᠰᠦᠨ ᠦ ᠠᠶᠤᠯ ᠦᠭᠡᠢ ᠪᠠᠶᠢᠳᠠᠯ ᠢ ᠬᠠᠩᠭᠠᠬᠤ ᠲᠣᠭᠲᠠᠯᠴᠠᠭ᠎ᠠ ᠶᠢ ᠪᠦᠷᠢᠳᠦᠭᠦᠯᠦᠨ᠂ ᠣᠷᠴᠢᠨ ᠦᠶ᠎ᠡ ᠶᠢᠨ ᠲᠧᠭᠨᠢᠭ ᠲᠧᠭᠨᠣᠯᠣᠭᠢ ᠶᠢ ᠨᠡᠪᠲᠡᠷᠡᠭᠦᠯᠦᠨ᠂ ᠲᠥᠷᠦ᠂ ᠬᠤᠪ ᠤᠨ ᠬᠡᠪᠰᠢᠯ᠂ ᠢᠷᠭᠡᠨ ᠦ ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠮᠡᠳᠡᠯᠭᠡ᠂ ᠣᠶᠢᠯᠠᠭᠠᠯᠲᠠ ᠶᠢ ᠳᠡᠭᠡᠭᠰᠢᠯᠡᠭᠦᠯᠵᠦ᠂ ᠮᠡᠳᠡᠭᠡᠯᠡᠯ ᠦᠨ ᠪᠥᠷᠢᠨ ᠪᠦᠲᠦᠨ᠂ ᠨᠢᠭᠤᠴᠠᠯᠠᠭᠳᠠᠭᠰᠠᠨ᠂ ᠬᠦᠷᠲᠡᠭᠡᠮᠵᠢ ᠲᠡᠢ ᠪᠠᠶᠢᠳᠠᠯ ᠢ ᠬᠠᠩᠭᠠᠨ᠎ᠠ᠃

᠐᠔᠃ ᠲᠣᠭ᠎ᠠ ᠶᠢᠨ ᠭᠠᠷ ᠤᠨ ᠦᠰᠦᠭ ᠦᠨ ᠴᠢᠳᠠᠪᠬᠢ
ᠪᠦᠬᠦ ᠨᠡᠶᠢᠲᠡ ᠶᠢᠨ ᠲᠣᠭᠠᠨ ᠪᠢᠴᠢᠭ ᠦᠰᠦᠭ ᠦᠨ ᠴᠢᠳᠠᠪᠬ᠎ᠠ ᠶᠢ ᠳᠡᠭᠡᠭᠰᠢᠯᠡᠭᠦᠯᠦᠨ᠂ ᠲᠣᠭᠠᠨ ᠬᠤᠪᠢᠶᠠᠭᠳᠠᠯ ᠢ ᠠᠷᠢᠯᠭᠠᠭᠰᠠᠨ ᠢᠶᠠᠷ ᠴᠠᠬᠢᠮ ᠦᠨᠳᠦᠰᠦᠲᠡᠨ ᠪᠣᠯᠤᠨ᠎ᠠ᠃

᠐᠕᠃ ᠢᠨᠨᠣᠸᠠᠼᠢ᠂ ᠦᠶᠯᠡᠳᠪᠦᠷᠢᠯᠡᠯ
ᠮᠡᠳᠡᠭᠡᠯᠡᠯ ᠦᠨ ᠲᠧᠭᠨᠣᠯᠣᠭᠢ᠂ ᠶᠡᠬᠡ ᠥᠭᠭᠥᠭᠳᠡᠯ᠂ ᠬᠢᠮᠡᠯ ᠣᠶᠤᠨ ᠤᠬᠠᠭᠠᠨ᠂ ᠪᠯᠣᠺᠴᠡᠢ ᠶᠢᠨ ᠳᠦ ᠰᠠᠭᠤᠷᠢᠯᠠᠭᠰᠠᠨ ᠫᠯᠠᠲᠹᠤᠷᠮ ᠤᠳ᠂ ᠫᠷᠣᠭᠷᠠᠮ ᠬᠠᠩᠭᠠᠮᠵᠢ᠂ ᠦᠨᠳᠦᠰᠦᠨ ᠦ ᠲᠣᠭᠠᠨ ᠺᠣᠨᠲ᠋ᠧᠨᠲ ᠢ ᠬᠥᠭᠵᠢᠭᠦᠯᠵᠦ᠂ ᠭᠠᠵᠠᠷ ᠤᠨ ᠬᠣᠪᠣᠷ ᠡᠯᠧᠮᠧᠨᠲ ᠲᠦ ᠲᠦᠰᠢᠭᠯᠡᠨ ᠡᠯᠧᠺᠲ᠋ᠷᠣᠨᠢᠺ ᠤᠨ ᠦᠢᠯᠡᠳᠪᠦᠷᠢᠯᠡᠯ ᠢ ᠨᠡᠮᠡᠭᠳᠡᠭᠦᠯᠵᠦ᠂ ᠡᠺᠰᠫᠣᠷᠲᠣᠳ ᠭᠠᠷᠭᠠᠨ ᠡᠳ᠋ ᠍ ᠦᠨ ᠵᠠᠰᠠᠭ ᠤᠨ ᠰᠢᠨ᠎ᠡ ᠰᠧᠺᠲ᠋ᠣᠷ ᠢ ᠬᠥᠭᠵᠢᠭᠦᠯᠦᠨ᠎ᠡ᠃

᠐᠖᠃ ᠦᠨᠳᠦᠰᠦᠨ ᠦ ᠬᠥᠭᠵᠢᠯ ᠦᠨ ᠬᠤᠷᠳᠤᠰᠭᠠᠭᠤᠷ
ᠨᠡᠶᠢᠭᠡᠮ᠂ ᠡᠳ᠋ ᠍ ᠦᠨ ᠵᠠᠰᠠᠭ ᠤᠨ ᠰᠠᠯᠪᠤᠷᠢ ᠳᠤ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠪᠦᠲᠦᠭᠡᠭᠳᠡᠬᠦᠨ᠂ ᠦᠢᠯᠡᠴᠢᠯᠡᠭᠡ ᠶᠢ ᠨᠡᠪᠲᠡᠷᠡᠭᠦᠯᠵᠦ᠂ ᠥᠷᠢᠰᠦᠯᠳᠡᠬᠦ ᠴᠢᠳᠠᠪᠤᠷᠢ᠂ ᠪᠦᠲᠦᠭᠡᠮᠵᠢ᠂ ᠦᠷ᠎ᠡ ᠥᠭᠭᠦᠭᠡᠴᠢ ᠶᠢ ᠳᠡᠭᠡᠭᠰᠢᠯᠡᠭᠦᠯᠦᠨ᠎ᠡ᠃